ᠤᠶᠤᠨᠴᠢ ᠬᠠᠤᠯᠢ ᠬᠡᠷᠡᠭᠵᠢᠭᠦᠯᠦᠯᠳᠡ

《ᠭᠤᠷᠪᠠᠨ ᠳᠦᠷᠢᠮ》 ᠤᠨ ᠬᠠᠮᠢᠶ᠎ᠠ ᠪᠦᠬᠦᠢ ᠠᠵᠢᠯ ᠤᠨ ᠭᠣᠣᠯ ᠠᠷᠭ᠎ᠠ ᠵᠠᠮ ᠪᠠ ᠠᠷᠭ᠎ᠠ ᠪᠠᠷᠢᠯ
ᠳᠦᠷᠢᠮ ᠲᠤᠭᠳᠠᠭᠠᠯ ᠢ ᠨᠢᠭᠡᠳᠦᠮᠡᠯᠵᠢᠭᠦᠯᠬᠦ ᠂ ᠠᠵᠢᠯ ᠢ ᠪᠠᠷᠢᠮᠵᠢᠶᠠᠵᠢᠭᠤᠯᠬᠤ ᠂ ᠰᠢᠢᠳᠪᠦᠷᠢᠯᠡᠯᠳᠠ ᠶᠢ ᠶᠠᠪᠤᠴᠠᠵᠢᠭᠤᠯᠬᠤ ᠂ ᠴᠢᠬᠤᠯᠠ ᠴᠡᠭ  ᠤᠨ ᠡᠵᠡᠮᠰᠢᠯᠳᠡ  ᠶᠢ ᠪᠡᠶᠡᠯᠡᠭᠦᠯᠦᠨ᠎ᠡ
ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠲᠣᠳᠣ ᠂ ᠬᠠᠤᠯᠢ ᠶᠣᠰᠦᠨ ᠦ ᠪᠦᠭᠡᠳ ᠲᠦᠷᠢᠮᠵᠢᠭᠰᠡᠨ ᠂ ᠪᠦᠳᠦᠮᠵᠢᠲᠠᠢ ᠬᠢᠨᠠᠯᠲᠠ ᠲᠠᠯᠪᠢᠬᠤ ᠶᠢ ᠠᠬᠢᠭᠤᠯᠤᠨ᠎ᠠ

ᠤᠶᠤᠨᠴᠢ ᠬᠠᠤᠯᠢ ᠬᠡᠷᠡᠭᠵᠢᠭᠦᠯᠦᠯᠳᠡ

ᠳᠦᠭᠦᠮ  ᠢᠶᠡᠷ ᠬᠠᠤᠯᠢ ᠬᠡᠷᠡᠭᠵᠢᠭᠦᠯᠬᠦ

ᠬᠠᠤᠯᠢ ᠬᠡᠷᠡᠭᠵᠢᠭᠦᠯᠦᠭᠴᠢ ᠭᠠᠷ ᠤᠲᠠᠰᠤ ᠪᠠᠷ ᠬᠡᠷᠡᠭ ᠰᠢᠢᠳᠪᠦᠷᠢᠯᠡᠬᠦ ᠂ ᠡᠳᠦᠷ ᠲᠤᠲᠤᠮ ᠤᠨ ᠪᠠᠶᠢᠴᠠᠭᠠᠯᠲᠠ ᠪᠡᠨ ᠲᠡᠮᠳᠡᠭᠯᠡᠬᠦ ᠂ ᠳᠤᠰᠬᠠᠢ ᠡᠭᠦᠷᠭᠡ ᠭᠦᠢᠴᠡᠳᠬᠡᠬᠦ ᠂ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠲᠠᠭᠯᠠᠨ ᠮᠡᠳᠡᠭᠦᠯᠬᠦ ᠂ ᠵᠢᠷᠤᠭ ᠰᠡᠭᠦᠳᠡᠷ ᠲᠠᠭᠤᠣ ᠰᠢᠩᠭᠡᠭᠡᠯᠲᠡ ᠵᠡᠷᠭᠡ ᠤᠯᠠᠨ ᠬᠡᠯᠪᠡᠷᠢ ᠶᠢᠨ ᠠᠭᠤᠯᠭ᠎ᠠ ᠶᠢ ᠨᠡᠶᠢᠲᠡᠯᠡᠬᠦ ᠂ ᠪᠡᠶ᠎ᠡ ᠶᠢᠨ ᠦᠨᠡᠮᠯᠡᠯ ᠦᠨ ᠢᠯᠭᠠᠨ ᠲᠠᠨᠢᠬᠤ ᠂ ᠡᠵᠡᠩᠨᠡᠯᠲᠡ ᠶᠢᠨ ᠦᠨᠡᠮᠯᠡᠯ ᠦᠨ ᠰᠢᠷᠪᠢᠯᠲᠡ ᠂ ᠤᠩᠰᠢᠨ ᠪᠢᠴᠢᠯᠡᠬᠦ  ᠵᠡᠷᠭᠡ ᠤᠶᠤᠨᠴᠢᠯᠠᠭᠰᠠᠨ ᠴᠢᠳᠠᠮᠵᠢ ᠨᠢ ᠬᠠᠤᠯᠢ ᠬᠡᠷᠡᠭᠵᠢᠭᠦᠯᠦᠭᠴᠢ ᠳᠦ ᠲᠦᠭᠦᠮ ᠦᠵᠡᠭᠦᠯᠦᠭᠰᠡᠨ ᠪᠦᠭᠡᠳ ᠠᠵᠢᠯ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠠ ᠃

ᠪᠦᠬᠦ ᠲᠠᠯ᠎ᠠ ᠪᠡᠷ ᠡᠵᠡᠮᠰᠢᠬᠦ

ᠤᠳᠤᠷᠢᠳᠤᠯᠭ᠎ᠠ ᠠᠴᠠ ᠪᠦᠬᠦ ᠲᠠᠯ᠎ᠠ ᠪᠠᠷ ᠲᠤᠬᠠᠢ ᠶᠢᠨ ᠴᠠᠭ ᠲᠦ ᠨᠢ ᠬᠠᠤᠯᠢ ᠵᠥᠷᠢᠴᠡᠭᠰᠡᠨ ᠠᠵᠢᠯᠯᠠᠭ᠎ᠠ ᠶᠢᠨ ᠪᠠᠶᠢᠴᠠᠭᠠᠨ ᠰᠢᠢᠳᠭᠡᠬᠦ ᠠᠬᠢᠴᠠ ᠶᠢ ᠡᠵᠡᠮᠰᠢᠵᠦ ᠂ ᠬᠡᠷᠡᠭ ᠤᠴᠢᠷ ᠲᠦ ᠳᠠᠷᠤᠢᠬᠠᠨ ᠬᠠᠤᠯᠢ ᠶᠢᠨ ᠰᠢᠢᠳᠪᠦᠷᠢ ᠭᠠᠷᠭᠠᠬᠤ ᠂ ᠳᠤᠰᠬᠠᠢ ᠪᠠᠶᠢᠴᠠᠭᠠᠬᠤ ᠡᠭᠦᠷᠭᠡ ᠪᠠᠭᠤᠯᠭᠠᠵᠤ ᠂ ᠡᠯ᠎ᠡ ᠵᠦᠢᠯ ᠦᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠥᠪᠯᠡᠷᠡᠯ ᠦᠨ ᠠᠰᠠᠭᠤᠳᠠᠯ ᠢ ᠰᠢᠢᠳᠪᠦᠷᠢᠯᠡᠨ᠎ᠡ᠃

ᠪᠤᠳᠠᠳᠦ ᠴᠠᠭ ᠲᠦ ᠬᠢᠨᠠᠯᠳᠠ ᠲᠠᠯᠪᠢᠬᠤ

ᠬᠢᠨᠠᠯᠲᠠ ᠲᠠᠯᠪᠢᠭᠴᠢ ᠡᠴᠡ ᠣᠷᠣᠨ ᠲᠣᠭᠤᠷᠢᠭ ᠰᠠᠯᠠᠭ᠎ᠠ ᠮᠥᠴᠢᠷ ᠢᠶᠡᠷ ᠣᠴᠢᠵᠦ ᠪᠦᠬᠦ ᠬᠡᠷᠡᠭ ᠤᠴᠢᠷ ᠲᠤ ᠲᠤᠬᠠᠢ ᠶᠢᠨ ᠴᠠᠭ ᠲᠤ ᠨᠢ ᠬᠢᠨᠠᠯᠲᠠ ᠲᠠᠯᠪᠢᠵᠦ ᠂ ᠬᠠᠤᠯᠢ ᠬᠡᠷᠡᠭᠵᠢᠭᠦᠯᠦᠭᠴᠢ ᠳ᠋ᠦ ᠤᠨᠴᠠᠭᠠᠢ ᠪᠠᠶᠢᠳᠠᠯ ᠢ ᠰᠡᠷᠡᠮᠵᠢᠯᠡᠬᠦᠯᠬᠦ ᠂ ᠳᠠᠩᠰᠠᠨ ᠳᠤ ᠣᠷᠣᠭᠤᠯᠤᠭᠰᠠᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠪᠡᠷ ᠳᠠᠮᠵᠢᠨ ᠬᠠᠤᠯᠢ ᠬᠡᠷᠡᠭᠵᠢᠭᠦᠯᠬᠦ ᠶᠠᠪᠤᠴᠠ ᠶᠢ ᠳᠦᠷᠢᠮᠵᠢᠭᠦᠯᠦᠨ ᠂ ᠪᠦᠲᠦᠮᠵᠢᠲᠡᠢ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃

ᠤᠶᠤᠨᠴᠢ ᠬᠢᠨᠠᠨ ᠰᠢᠯᠭᠠᠯᠳᠠ

ᠬᠢᠨᠠᠨ ᠰᠢᠯᠭᠠᠷᠠᠭᠤᠯᠬᠤ ᠰᠠᠯᠠᠭᠠᠨ ᠤ ᠠᠵᠢᠯᠳᠠᠨ ᠡᠴᠡ ᠲᠤᠰ ᠲᠠᠪᠴᠠᠩ ᠳᠤ ᠬᠢᠨᠠᠨ ᠰᠢᠯᠭᠠᠷᠠᠭᠤᠯᠤᠯᠲᠠ ᠶᠢᠨ ᠲᠥᠯᠥᠪᠯᠡᠭᠡ ᠳᠣᠭᠲᠠᠭᠠᠵᠦ ᠂ ᠰᠠᠨᠠᠯ ᠲᠤᠰᠬᠠᠯ ᠦᠨ ᠪᠠᠶᠢᠳᠠᠯ ᠢᠶᠡᠷ ᠰᠢᠯᠭᠠᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠬᠤ ᠪᠡᠷ ᠳᠠᠮᠵᠢᠨ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠦᠨ ᠠᠵᠢᠯ ᠤᠨ ᠦᠷ᠎ᠡ ᠪᠦᠲᠦᠮᠵᠢ ᠶᠢ ᠶᠡᠬᠡᠬᠡᠨ ᠳᠡᠭᠡᠭᠰᠢᠯᠡᠭᠦᠯᠵᠦ ᠂ ᠬᠢᠨᠠᠨ ᠬᠠᠮᠢᠶᠠᠷᠤᠯᠲᠠ ᠶᠢ ᠴᠢᠩᠭᠠᠳᠬᠠᠨ ᠂ ᠵᠠᠰᠠᠭ ᠤᠨ ᠶᠠᠪᠤᠳᠠᠯ ᠢ ᠢᠯᠠ ᠪᠣᠯᠭᠠᠬᠤ ᠦᠷ᠎ᠡ ᠪᠦᠲᠦᠮᠵᠢ ᠳᠦ ᠬᠦᠷᠭᠡᠨ᠎ᠡ᠃ 

ᠰᠢᠢᠳᠪᠦᠷᠢᠳᠦ ᠪᠤᠳᠤᠯᠭ᠎ᠠ ᠶᠢᠨ ᠵᠠᠳᠠᠯᠤᠯᠳᠠ

ᠬᠠᠮᠢᠶᠠᠷᠤᠭᠴᠢ ᠡᠴᠡ ᠲᠤᠮᠤ ᠳ᠋ᠠᠶᠢᠲ᠋ᠠ ᠶᠢᠨ ᠵᠠᠳᠠᠯᠤᠯᠲᠠ ᠪᠡᠷ ᠳᠠᠮᠵᠢᠨ ᠪᠦᠷᠢᠳᠬᠡᠨ ᠭᠠᠷᠭᠠᠭᠰᠠᠨ ᠬᠠᠤᠯᠢ ᠬᠡᠷᠡᠭᠵᠢᠭᠦᠯᠬᠦ ᠭᠤᠤᠯ ᠴᠤᠭᠴᠠ ᠪᠣᠯᠤᠨ ᠬᠠᠤᠯᠢ ᠬᠡᠷᠡᠭᠵᠢᠭᠦᠯᠦᠭᠰᠡᠨ ᠪᠠᠶᠢᠳᠠᠯ ᠂ ᠬᠠᠤᠯᠢ ᠬᠡᠷᠡᠭᠵᠢᠭᠦᠯᠦᠭᠴᠢ ᠵᠢᠴᠢ ᠬᠡᠷᠡᠭ ᠰᠢᠢᠳᠪᠦᠷᠢᠯᠡᠭᠰᠡᠨ ᠪᠠᠶᠢᠳᠠᠯ ᠂ ᠡᠳᠦᠷ ᠲᠤᠲᠤᠮ ᠤᠨ ᠪᠠᠶᠢᠴᠠᠭᠠᠯᠲᠠ ᠂ ᠵᠠᠰᠠᠭ ᠵᠠᠬᠢᠷᠭᠠᠨ ᠤ ᠲᠠᠬᠢᠨ ᠵᠦᠪᠯᠡᠭᠰᠡᠨ ᠪᠠᠶᠢᠳᠠᠯ ᠂ ᠬᠢᠨᠠᠨ ᠰᠡᠷᠡᠮᠵᠢᠯᠡᠭᠦᠯᠦᠭᠰᠡᠨ ᠪᠠᠶᠢᠳᠠᠯ ᠵᠡᠷᠭᠡ ᠶᠢᠨ ᠪᠦᠷᠢᠳᠭᠡᠯ ᠢ ᠰᠢᠭᠤᠳ ᠦᠵᠡᠵᠦ ᠳᠡᠶᠢᠯᠳᠡᠭ ᠡᠴᠡ  ᠬᠠᠮᠢᠶᠠᠷᠤᠭᠴᠢ ᠶᠢᠨ ᠬᠠᠨᠳᠤᠯᠭᠠᠲᠤ ᠴᠢᠨᠠᠷ ᠲᠠᠢ ᠰᠠᠶᠢᠵᠢᠷᠠᠭᠤᠯᠬᠤ ᠪᠠ ᠪᠦᠲᠦᠮᠵᠢᠲᠡᠢ ᠠᠷᠭ᠎ᠠ ᠪᠣᠳᠣᠯᠭ᠎ᠠ ᠲᠣᠭᠲᠠᠭᠠᠬᠤ ᠶᠢ ᠠᠬᠢᠭᠤᠯᠤᠨ᠎ᠠ᠃ 

ᠤᠯᠠᠨ ᠨᠠᠶᠢᠳᠠ ᠶᠢᠨ ᠦᠢᠯᠡᠴᠢᠯᠡᠭᠡ

ᠤᠯᠠᠨ ᠨᠠᠶᠢᠳᠠ ᠂ ᠲᠠᠪᠴᠠᠩ ᠳᠦ ᠨᠠᠶᠢᠳᠠᠯᠡᠭᠰᠡᠨ ᠬᠠᠤᠯᠢ ᠬᠡᠷᠡᠭᠵᠢᠭᠦᠯᠬᠦ ᠵᠠᠩᠭᠢ ᠶᠢ ᠦᠵᠡᠬᠦ  ᠪᠠ ᠢᠯᠡᠴᠢᠯᠡᠨ ᠵᠠᠭᠠᠯᠳᠤᠵᠤ ᠪᠣᠯᠤᠨ᠎ᠠ᠃ ᠠᠵᠢᠯᠲᠠᠳ ᠳᠤᠰ ᠰᠢᠰᠲ᠋ᠧᠮ ᠢᠶᠡᠷ ᠳᠠᠮᠵᠢᠵᠦ ᠲᠠᠬᠢᠨ ᠵᠥᠪᠯᠡᠬᠦ ᠂ ᠬᠡᠷᠡᠴᠢᠯᠡᠯᠡᠲᠡ ᠰᠣᠨᠤᠰᠬᠤ ᠂ ᠲᠣᠭᠠᠴᠢᠨ ᠲᠣᠳᠣᠷᠬᠠᠶᠢᠯᠠᠬᠤ ᠶᠢ ᠡᠷᠡᠮᠡᠯᠵᠡᠵᠦ ᠂ ᠬᠡᠷᠡᠭ ᠤᠴᠢᠷ ᠦᠨ ᠨᠠᠷᠢᠨ ᠪᠠᠶᠢᠳᠠᠯ ᠢ ᠣ‍ᠶᠢᠯᠠᠭᠠᠵᠦ ᠪᠣᠯᠤᠨ᠎ᠠ ᠂ ᠤᠯᠠᠨ ᠲᠦᠮᠡᠨ ᠳᠦ ᠲᠤᠰᠠᠯᠠᠨ ᠳᠡᠮᠵᠢᠬᠦ ᠠᠷᠭ᠎ᠠ ᠵᠠᠮ ᠢ ᠬᠠᠩᠭᠠᠵᠤ᠂ ᠠᠷᠠᠳ ᠢᠷᠭᠡᠨ ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃

 

 

ᠬᠠᠷᠢᠯᠴᠠᠬᠤ ᠬᠦᠰᠦᠨᠦᠭ

ᠬᠠᠷᠢᠯᠴᠠᠬᠤ ᠵᠠᠩᠭᠢ

400-805-2232
0471-5617213
info@orhonit.com
ᠬᠦᠬᠡᠬᠤᠳᠠ ᠶᠢᠨ ᠰᠠᠶᠢᠬᠠᠨ ᠲᠤᠭᠤᠷᠢᠭ ᠤᠨ ᠪᠤᠭᠤᠳᠦ ᠵᠡᠭᠦᠨ ᠵᠡᠭᠡᠯᠢ ᠶᠢᠨ ᠢ ᠾᠸ ᠠᠰᠠᠷ ᠤᠨ 6 ᠳ᠋ᠤᠭᠠᠷ ᠲᠠᠪᠬᠤᠷ