ᠮᠤᠩᠭᠤᠯ ᠬᠡᠯᠡᠨ ᠤ ᠲᠣᠭᠠᠴᠢᠯᠠᠯᠳᠠ ᠪᠤᠯ ᠮᠠᠨ ᠤ ᠺᠤᠮᠫᠠᠨᠢ ᠶᠢᠨ ᠬᠠᠮᠤᠭ ᠤᠨ ᠭᠣᠣᠯ ᠪᠣᠯᠬᠤ ᠲᠤᠬᠠᠶᠢᠯᠠᠭᠰᠠᠨ ᠠᠵᠢᠯ ᠤᠨ ᠨᠢᠭᠡ ᠪᠤᠯᠤᠨ᠎ᠠ ᠂ ᠤᠯᠠᠨ ᠵᠢᠯ ᠦᠨ ᠲᠤᠷᠰᠢ ᠮᠠᠨ ᠤ ᠬᠠᠮᠳᠦ ᠨᠡᠢᠳᠡ ᠨᠢ ᠮᠣᠩᠭᠣᠯ ᠬᠡᠯᠡ ᠪᠢᠴᠢᠭ ᠦᠨ ᠲᠣᠭᠠᠴᠢᠯᠠᠯᠳᠠ ᠶᠢᠨ ᠮᠡᠷᠭᠡᠵᠢᠯ ᠦᠨ ᠰᠤᠳᠤᠯᠤᠨ ᠨᠡᠭᠡᠭᠡᠯᠳᠡ ᠶᠢᠨ ᠠᠵᠢᠯ ᠳᠦ ᠬᠦᠴᠦᠨ ᠵᠢᠳᠭᠦᠭᠰᠡᠨ ᠪᠥᠭᠡᠳ ᠮᠡᠳᠡᠭᠳᠡᠬᠦᠶᠢᠴᠡ ᠦᠷ᠎ᠡ ᠪᠦᠲᠦᠮᠵᠢ ᠣᠯᠤᠭᠰᠠᠨ ᠪᠠᠶᠢᠨ᠎ᠠ ᠃
ᠮᠣᠩᠭᠣᠯ ᠬᠡᠯᠡᠨ ᠦ ᠦᠰᠦᠭ ᠪᠢᠴᠢᠭ ᠦᠨ ᠺᠤᠳ᠋ᠯᠠᠯ ᠵᠢᠴᠢ ᠢᠯᠡᠷᠬᠡᠢᠯᠡᠬᠦ ᠮᠡᠷᠭᠡᠵᠢᠯ᠄ ᠮᠣᠩᠭᠣᠯ ᠦᠰᠦᠭ ᠪᠢᠴᠢᠭ ᠦᠨ ᠣᠯᠠᠨ ᠤᠯᠤᠰ ᠤᠨ ᠪᠠᠷᠢᠮᠵᠢᠶ᠎ᠠ ᠺᠤᠳ᠋ᠯᠠᠯ ᠤᠨ ᠳᠦᠷᠢᠮ ᠤᠨ ᠲᠠᠭᠠᠥ ᠨᠢᠭᠡ ᠢᠵᠢ ᠮᠣᠩᠭᠣᠯ ᠦᠰᠦᠭ ᠤᠨ ᠲᠢᠭ ᠪᠣᠯᠤᠨ ᠲᠠᠪᠴᠠᠩ ᠠᠯᠠᠭᠠᠰᠤᠭᠰᠠᠨ ᠣᠯᠠᠨ ᠬᠠᠢᠯᠳᠠᠳᠦ ᠢᠯᠡᠷᠬᠡᠢᠯᠡᠭᠡ ᠶᠢᠨ ᠮᠡᠷᠭᠡᠵᠢᠯ ᠨᠡᠭᠡᠭᠡᠨ ᠬᠥᠭᠵᠢᠭᠦᠯᠪᠡ᠃
ᠮᠣᠩᠭᠣᠯ ᠬᠡᠯᠡᠨ ᠦ ᠲᠦᠷᠭᠡᠨ ᠲᠣᠭᠠᠴᠢᠯᠠᠯᠳᠠ ᠶᠢᠨ ᠦᠢᠯᠡᠴᠢᠯᠡᠭᠡ ᠄ ᠮᠣᠩᠭᠣᠯ ᠬᠡᠯᠡᠨ ᠦ ᠦᠰᠦᠭ ᠪᠢᠴᠢᠭ ᠤᠨ ᠢᠯᠡᠷᠬᠡᠢᠯᠡᠭᠡ ᠶᠢᠨ ᠮᠡᠷᠭᠡᠵᠢᠯ ᠦᠨ ᠰᠠᠭᠤᠷᠢᠨ ᠳᠡᠭᠡᠷ᠎ᠡ ᠮᠠᠨ ᠤ ᠬᠠᠮᠳᠦ ᠨᠡᠢᠳᠡ ᠨᠢ ᠺᠣᠳ᠋ ᠬᠦᠷᠪᠡᠭᠦᠯᠬᠦ ᠂ ᠬᠠᠷᠭᠤᠭᠤᠯᠬᠤ ᠂ ᠰᠢᠷᠪᠢᠵᠦ ᠢᠯᠭᠠᠨ ᠲᠠᠨᠢᠬᠤ ᠵᠡᠷᠭᠡ ᠨᠢᠭᠡ ᠰᠢᠷᠢᠰ ᠲᠣᠭᠠᠴᠢᠯᠠᠭᠰᠠᠨ ᠡᠭᠦᠯᠡᠨᠴᠢᠷ ᠦᠢᠯᠡᠴᠢᠯᠡᠭᠡᠨ ᠦ ᠮᠡᠷᠭᠡᠵᠢᠯ ᠢ ᠰᠤᠳᠤᠯᠤᠨ ᠨᠡᠭᠡᠭᠡᠵᠠᠢ᠃
ᠮᠣᠩᠭᠣᠯ ᠬᠡᠯᠡᠨ ᠦ ᠰᠢᠰᠲ᠋ᠧᠮ ᠄ ᠮᠣᠩᠭᠣᠯ ᠬᠡᠯᠡᠨ ᠤ ᠲᠣᠭᠠᠴᠢᠯᠠᠭᠰᠠᠨ ᠮᠡᠷᠭᠡᠵᠢᠯ ᠳᠦ ᠰᠠᠭᠤᠷᠢᠯᠠᠨ ᠂ ᠮᠣᠩᠭᠣᠯ ᠬᠡᠯᠡᠨ ᠤ ᠠᠭᠤᠯᠭ᠎ᠠ ᠬᠠᠮᠢᠶᠠᠷᠤᠯᠲᠠ ᠶᠢᠨ ᠰᠢᠰᠲ᠋ᠧᠮ ᠂ ᠮᠣᠩᠭᠣᠯ ᠬᠡᠯᠡᠨ ᠤ ᠰᠦᠯᠵᠢᠶᠡᠨ ᠳᠡᠬᠢ ᠰᠤᠷᠭᠠᠨ ᠬᠥᠮᠦᠵᠢᠯ ᠦᠨ ᠵᠢᠭᠠᠨ ᠰᠤᠷᠭᠠᠬᠤ ᠡᠭᠦᠯᠡᠨᠴᠢᠷ ᠲᠠᠪᠴᠠᠩ ᠂ ᠮᠣᠩᠭᠣᠯ ᠬᠢᠲᠠᠳ ᠬᠣᠤᠰ ᠬᠡᠯᠡᠨ ᠦ ᠰᠢᠦᠳᠠᠨ ᠰᠢᠰᠲ᠋ᠧᠮ ᠂ ᠮᠣᠩᠭᠣᠯ ᠬᠡᠯᠡᠨ ᠦ ᠨᠣᠮ ᠪᠢᠴᠢᠭ ᠬᠠᠮᠢᠶᠠᠷᠤᠯᠲᠠ ᠶᠢᠨ ᠰᠢᠰᠲ᠋ᠧᠮ ᠵᠡᠷᠭᠡ ᠣᠯᠠᠨ ᠬᠡᠯᠪᠡᠷᠢ ᠶᠢᠨ ᠮᠣᠩᠭᠣᠯ ᠬᠡᠯᠡᠨ ᠦ ᠰᠢᠰᠲ᠋ᠧᠮ ᠢ ᠨᠡᠭᠡᠭᠡᠨ ᠬᠥᠭᠵᠢᠭᠦᠯᠵᠠᠢ᠃
ᠮᠣᠩᠭᠣᠯ ᠬᠢᠲᠠᠳ ᠬᠣᠤᠰ ᠬᠡᠯᠡᠨ ᠦ ᠤᠶᠤᠨᠴᠢ ᠰᠤᠷᠭᠠᠭᠤᠯᠢ ᠶᠢᠨ ᠬᠦᠷᠢᠶᠡᠨ ᠤ ᠲᠠᠪᠴᠠᠩ ᠪᠣᠯ ᠰᠤᠷᠤᠭᠴᠢ ᠂ ᠭᠡᠷ ᠦᠨ ᠠᠬᠠᠮᠠᠳ ᠂ ᠪᠠᠭᠰᠢ ᠂ ᠰᠤᠷᠭᠠᠨ ᠬᠥᠮᠦᠵᠢᠯ ᠦᠨ ᠠᠵᠢᠯᠲᠠᠳ ᠲᠦ ᠵᠤᠷᠢᠭᠤᠯᠤᠭᠰᠠᠨ ᠴᠢᠯᠥᠭᠡᠲᠦ ᠂ ᠥᠷᠭᠡᠳᠬᠡᠵᠦ ᠪᠤᠯᠬᠤᠢᠴᠠ ᠂ ᠦᠷᠭᠦᠯᠵᠢᠯᠡᠬᠦᠢᠴᠡ ᠦᠢᠯᠡᠴᠢᠯᠡᠭᠡᠨ ᠦ ᠰᠤᠷᠭᠠᠭᠤᠯᠢ ᠶᠢᠨ ᠬᠦᠷᠢᠶᠡᠨ ᠦ ᠤᠶᠤᠨᠴᠢ ᠶᠡᠷᠦᠩᠬᠡᠶᠢᠯᠡᠭᠰᠡᠨ ᠦᠢᠯᠡᠴᠢᠯᠡᠭᠡᠨ ᠦ ᠲᠠᠪᠴᠠᠩ ᠪᠤᠯᠤᠨ᠎ᠠ᠃ ᠮᠣᠩᠭᠣᠯ ᠬᠢᠲᠠᠳ ᠬᠣᠤᠰ ᠬᠡᠯᠡᠨ ᠦ ᠤᠶᠤᠨᠴᠢ ᠰᠤᠷᠭᠠᠭᠤᠯᠢ ᠶᠢᠨ ᠬᠦᠷᠢᠶᠡᠨ ᠤ ᠲᠠᠪᠴᠠᠩ ᠨᠢ《ᠨᠢᠭᠡᠳᠦᠯᠲᠡᠶ ᠲᠠᠪᠴᠠᠩ ᠢᠶᠠᠷ ᠰᠠᠭᠤᠷᠢ ᠪᠣᠯᠭᠠᠨ ᠂ ᠤᠶᠤᠨᠴᠢ ᠵᠢᠭᠠᠨ ᠰᠤᠷᠭᠠᠯᠳᠠ ᠪᠠᠷ ᠭᠣᠣᠯ ᠪᠣᠯᠭᠠᠵᠤ ᠂ ᠤᠶᠤᠨᠴᠢ ᠬᠠᠮᠢᠶᠠᠷᠤᠯᠲᠠ ᠪᠡᠷ ᠲᠤᠯᠭᠠᠭᠤᠷᠢ ᠪᠣᠯᠭᠠᠨ ᠂ ᠪᠠᠭᠰᠢ ᠶᠢᠨ ᠬᠥᠭᠵᠢᠯᠲᠡ ᠪᠡᠷ ᠬᠥᠳᠡᠯᠭᠡᠭᠦᠷ ᠪᠣᠯᠭᠠᠨ᠂ ᠠᠮᠤᠷ ᠲᠠᠶᠢᠪᠤᠩ ᠰᠤᠷᠭᠠᠭᠤᠯᠢ ᠶᠢᠨ ᠬᠦᠷᠢᠶ᠎ᠡ ᠪᠡᠷ ᠪᠠᠲᠤᠯᠠᠭ᠎ᠠ ᠪᠣᠯᠭᠠᠵᠤ ᠂ ᠡᠶ᠎ᠡ ᠨᠠᠶᠢᠷᠠᠮᠳᠠᠭᠤ ᠰᠤᠷᠭᠠᠭᠤᠯᠢ ᠪᠠ ᠭᠡᠷ ᠢᠶᠡᠷ ᠬᠣᠯᠪᠣᠭᠠᠰᠤ ᠪᠣᠯᠭᠠᠨ ᠂ ᠳᠠᠪᠠᠭᠤᠯᠢᠭ ᠬᠥᠭᠵᠢᠭᠦᠯᠦᠯᠳᠡ ᠪᠡᠷ ᠤᠳᠤᠷᠢᠳᠤᠮᠵᠢ ᠪᠣᠯᠭᠠᠵᠦ》ᠬᠠᠮᠤᠭ ᠤᠨ ᠡᠴᠦᠰ ᠲᠦ ᠰᠤᠷᠤᠭᠴᠢ ᠂ ᠪᠠᠭᠰᠢ ᠂ ᠰᠤᠷᠭᠠᠭᠤᠯᠢ ᠶᠢᠨ ᠳᠠᠪᠠᠭᠤᠯᠢᠭ ᠲᠡᠩᠴᠡᠭᠦᠷᠢᠲᠡᠶ ᠬᠥᠭᠵᠢᠯᠳᠡ ᠶᠢ ᠠᠬᠢᠭᠤᠯᠤᠭᠰᠠᠨ《ᠠᠮᠤᠷ ᠲᠦᠪᠰᠢᠨ ᠂ ᠲᠣᠭᠲᠠᠭᠤᠨ ᠂ ᠪᠣᠬᠢᠷᠲᠤᠯ ᠦᠭᠡᠶ ᠂ ᠡᠨᠧᠷᠭᠢ ᠳ᠋ᠦ ᠠᠷᠪᠢᠳᠠᠢ ᠤᠶᠤᠨᠴᠢ ᠰᠤᠷᠭᠠᠭᠤᠯᠢ ᠶᠢᠨ ᠬᠦᠷᠢᠶᠡᠨ ᠦ ᠠᠮᠢ ᠠᠬᠤᠶ ᠶᠢᠨ ᠰᠢᠰᠲ᠋ᠧᠮ》 ᠢ ᠪᠠᠢᠭᠤᠯᠤᠨ᠎ᠠ᠃
ᠰᠤᠷᠭᠠᠭᠤᠯᠢ ᠶᠢᠨ ᠬᠦᠷᠢᠶᠡᠨ ᠤ ᠨᠡᠶᠢᠭᠡᠮ ᠦᠨ ᠬᠠᠷᠢᠯᠴᠠᠭᠠᠨ ᠤ ᠨᠡᠪᠲᠡᠷᠡᠯᠴᠡᠬᠦ ᠲᠠᠪᠴᠠᠩ ᠂ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠪᠠ ᠴᠢᠯᠥᠭᠡᠲᠦ ᠰᠢᠯᠵᠢᠯᠲᠡ ᠶᠢᠨ ᠡᠭᠦᠯᠡᠨᠴᠢᠷ ᠬᠡᠷᠡᠭᠯᠡᠭᠡᠨ ᠢᠶᠡᠷ ᠳᠠᠮᠵᠢᠭᠤᠯᠤᠨ ᠡᠭᠦᠳᠦᠭᠰᠡᠨ《 ᠣᠶᠤᠨᠴᠢ ᠬᠠᠮᠢᠶᠠᠷᠤᠯᠳᠠ ᠂ ᠣᠶᠤᠨᠴᠢ ᠵᠢᠭᠠᠨ ᠰᠤᠷᠭᠠᠯᠳᠠ ᠂ ᠣᠶᠤᠨᠴᠢ ᠠᠮᠢᠳᠤᠷᠠᠯ 》 ᠤᠨ ᠶᠡᠷᠦᠩᠬᠡᠶᠢᠯᠡᠭᠰᠡᠨ ᠦᠢᠯᠡᠴᠢᠯᠡᠭᠡᠨ ᠦ ᠬᠠᠮᠢᠶᠠᠷᠤᠯᠲᠠ ᠶᠢᠨ ᠲᠠᠪᠴᠠᠩ ᠪᠠᠢᠵᠦ ᠂ ᠴᠥᠭᠡᠨ ᠲᠣᠭᠠᠲᠤ ᠦᠨᠳᠦᠰᠦᠲᠡᠨ ᠦ ᠰᠤᠷᠭᠠᠭᠤᠯᠢ ᠶᠢᠨ ᠬᠦᠷᠢᠶᠡᠨ ᠤ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠵᠢᠭᠦᠯᠦᠨ ᠰᠢᠨ᠎ᠡ ᠶᠢ ᠡᠭᠦᠳᠴᠤ ᠂ ᠬᠥᠮᠦᠨ ᠬᠥᠮᠦᠨ ᠦ ᠬᠣᠭᠣᠷᠣᠨᠳᠣᠬᠢ ᠂ ᠬᠥᠮᠦᠨ ᠬᠢᠭᠡᠳ ᠲᠤᠬᠠᠶᠢᠯᠠᠭᠰᠠᠨ ᠠᠵᠢᠯ ᠤᠨ ᠬᠤᠭᠤᠷᠤᠨᠳᠤᠬᠢ ᠂ ᠬᠥᠮᠦᠨ ᠪᠠ ᠦᠢᠯᠡᠴᠢᠯᠡᠭᠡᠨ ᠤ ᠬᠤᠭᠤᠷᠤᠨᠳᠤᠬᠢ ᠬᠤᠯᠪᠤᠭᠠᠰᠤ ᠶᠢ ᠪᠠᠢᠭᠤᠯᠤᠨ᠎ᠠ᠃
ᠤᠷᠬᠤᠨ ᠮᠣᠩᠭᠣᠯ ᠬᠢᠲᠠᠳ ᠬᠣᠤᠰ ᠬᠡᠯᠡᠨ ᠦ ᠤᠶᠤᠨᠴᠢ ᠨᠠᠮ ᠤᠨ ᠪᠠᠶᠢᠭᠤᠯᠤᠯᠲᠠ ᠨᠢ《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ 》᠂ ᠨᠠᠮ ᠤᠨ ᠳᠣᠲᠣᠭᠠᠳᠤ ᠶᠢᠨ ᠬᠠᠮᠢᠶ᠎ᠠ ᠪᠦᠬᠦᠢ ᠲᠦᠷᠢᠮ ᠲᠣᠭᠲᠠᠭᠠᠯ ᠵᠢᠴᠢ ᠬᠠᠮᠢᠶᠠᠷᠤᠯᠲᠠ ᠶᠢᠨ ᠠᠷᠭ᠎ᠠ ᠶᠢ ᠵᠢᠷᠤᠮᠯᠠᠵᠦ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠣᠳᠠᠲᠠᠶ ᠠᠵᠢᠯ ᠲᠠᠢ ᠤᠶᠠᠯᠳᠤᠭᠤᠯᠵᠤ ᠂ ᠢᠨᠲ᠋ᠧᠷ ᠰᠦᠯᠵᠢᠶ᠎ᠡ + ᠨᠠᠮ ᠤᠨ ᠪᠠᠶᠢᠭᠤᠯᠤᠯᠲᠠ + ᠲᠤᠮᠤ ᠳ᠋ᠠᠶᠢᠲ᠋ᠠ ᠶᠢᠨ ᠣᠶᠢᠯᠠᠭᠠᠭᠳᠠᠬᠤᠨ ᠢ ᠬᠡᠷᠡᠭᠵᠢᠭᠦᠯᠵᠦ ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠂ ᠤᠬᠠᠭᠤᠯᠬᠤ ᠦᠵᠡᠯ ᠰᠠᠨᠠᠭ᠎ᠠ ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠢᠨᠠᠨ ᠪᠠᠶᠢᠴᠠᠭᠠᠯᠳᠠ ᠂ ᠨᠢᠭᠡᠳᠦᠮᠡᠯ ᠹᠷᠣᠨᠲ ᠂ ᠤᠯᠤᠰ ᠲᠦᠷᠦ ᠬᠠᠤᠯᠢ ᠴᠠᠭᠠᠵᠠ ᠶᠢᠨ ᠶᠡᠷᠦᠩᠬᠡᠶᠢᠯᠡᠨ ᠵᠠᠰᠠᠬᠤ ᠨᠢᠭᠡ ᠴᠤᠭᠴᠠᠵᠢᠭᠤᠯᠤᠭᠰᠠᠨ ᠨᠠᠮ ᠤᠨ ᠪᠠᠶᠢᠭᠤᠯᠤᠯᠲᠠ ᠶᠢᠨ ᠲᠠᠪᠤ ᠶᠢ ᠨᠢᠭᠡ ᠴᠤᠭᠴᠠᠵᠢᠭᠤᠯᠬᠤ ᠮᠣᠩᠭᠣᠯ ᠬᠢᠲᠠᠳ ᠬᠣᠤᠰ ᠬᠡᠯᠡᠨ ᠦ ᠶᠡᠬᠡ ᠲᠠᠪᠴᠠᠩ ᠢ ᠡᠭᠦᠳᠦᠨ ᠪᠠᠶᠢᠭᠤᠯᠤᠨ᠎ᠠ᠃
ᠤᠶᠤᠨᠴᠢ ᠬᠠᠤᠯᠢ ᠬᠡᠷᠡᠭᠵᠢᠭᠦᠯᠦᠯᠳᠡ ᠶᠢᠨ ᠲᠠᠪᠴᠠᠩ ᠨᠢ ᠬᠠᠤᠯᠢ ᠬᠡᠷᠡᠭᠵᠢᠭᠦᠯᠬᠦ ᠂ ᠬᠢᠨᠠᠨ ᠬᠠᠷᠭᠤᠭᠤᠯᠬᠤ ᠂ ᠬᠢᠨᠠᠯᠲᠠ ᠲᠠᠯᠪᠢᠬᠤ ᠂ ᠰᠢᠢᠳᠪᠦᠷᠢᠳᠦ ᠪᠤᠳᠤᠯᠭ᠎ᠠ ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠡᠷᠭᠡ ᠶᠢ ᠬᠠᠮᠤᠷᠤᠭᠰᠠᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠠᠪᠴᠠᠩ ᠪᠣᠯᠤᠨ᠎ᠠ ᠃《ᠭᠤᠷᠪᠠᠨ ᠵᠦᠢᠯ ᠦᠨ ᠲᠦᠷᠢᠮ》 ᠤᠨ ᠬᠣᠯᠪᠣᠭᠳᠠᠯ ᠪᠦᠬᠦᠢ ᠠᠵᠢᠯ ᠤᠨ ᠭᠣᠣᠯ ᠠᠷᠭ᠎ᠠ ᠵᠠᠮ ᠪᠠ ᠠᠷᠭ᠎ᠠ ᠬᠡᠮᠵᠢᠶ᠎ᠡ ᠪᠤᠯᠤᠭᠰᠠᠨ ᠤ ᠬᠤᠪᠢ ᠳ᠋ᠦ ᠂ ᠲᠠᠪᠴᠠᠩ ᠢᠶᠡᠷ ᠳᠠᠮᠵᠢᠭᠤᠯᠤᠨ ᠳᠦᠷᠢᠮ ᠢ ᠨᠢᠭᠡᠳᠦᠯᠲᠡᠶ ᠪᠣᠯᠭᠠᠬᠤ ᠂ ᠠᠵᠢᠯ ᠤᠨ ᠪᠠᠷᠢᠮᠵᠢᠶᠠᠵᠢᠭᠤᠯᠬᠤ ᠂ ᠬᠡᠷᠡᠭ ᠤᠨ ᠰᠢᠢᠳᠪᠦᠷᠢᠯᠡᠯᠳᠡ ᠶᠢ ᠳᠠᠷᠠᠭᠠᠯᠠᠯ ᠲᠠᠢ ᠪᠤᠯᠭᠠᠬᠤ ᠂ ᠴᠢᠬᠤᠯᠠ ᠵᠠᠩᠭᠢᠯᠠᠭ᠎ᠠ ᠶᠢ ᠡᠵᠡᠮᠳᠡᠵᠦ ᠂ ᠡᠭᠦᠨ ᠦ ᠤᠯᠠᠮ ᠠᠴᠠ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠳᠠᠯ ᠢ ᠢᠯᠡ ᠲᠣᠳᠣ ᠪᠤᠯᠭᠠᠵᠦ᠂ ᠬᠠᠤᠯᠢ ᠶᠣᠰᠣᠨ ᠤ ᠂ ᠵᠢᠷᠤᠮᠵᠢᠭᠤᠨ ᠂ ᠪᠦᠲᠦᠮᠵᠢᠲᠡᠶ ᠬᠢᠨᠠᠯᠲᠠ ᠲᠠᠯᠪᠢᠯᠳᠠ ᠶᠢ ᠠᠬᠢᠭᠤᠯᠤᠨ᠎ᠠ᠃