ᠤᠨᠴᠠᠯᠢᠭ

ᠤᠶᠤᠨᠴᠢ ᠬᠠᠮᠢᠶᠠᠷᠤᠯᠲᠠ
ᠤᠶᠤᠨᠴᠢ ᠵᠢᠭᠠᠨ ᠰᠤᠷᠭᠠᠯᠲᠠ
ᠤᠶᠤᠨᠴᠢ ᠠᠮᠢᠳᠤᠷᠠᠯ

ᠲᠠᠨᠢᠯᠴᠠᠭᠤᠯᠭ᠎ᠠ

ᠤᠷᠬᠤᠨ ᠮᠣᠩᠭᠣᠯ ᠬᠢᠲᠠᠳ ᠬᠤᠤᠰ ᠬᠡᠯᠡᠨ ᠦ ᠣᠶᠤᠨᠴᠢ ᠰᠣᠷᠭᠠᠭᠤᠯᠢ ᠶᠢᠨ ᠬᠦᠷᠢᠶᠡᠨ ᠦ ᠲᠠᠪᠴᠠᠩ ᠨᠢ ᠪᠠᠭᠰᠢ ᠂ ᠰᠤᠷᠤᠭᠴᠢ᠂ ᠭᠡᠷ ᠦᠨ ᠠᠬᠠᠮᠠᠳ ᠵᠢᠴᠢ ᠰᠣᠷᠭᠠᠨ ᠬᠦᠮᠦᠵᠢᠯ ᠦᠨ ᠠᠵᠢᠯᠲᠠᠨ ᠳᠤ ᠬᠠᠨᠳᠤᠭᠤᠯᠤᠭᠰᠠᠨ ᠂ ᠨᠡᠭᠡᠭᠡᠯᠲᠡᠲᠦ ᠂ ᠥᠷᠭᠡᠳᠭᠡᠯᠲᠦ ᠂ ᠦᠷᠭᠦᠯᠵᠢᠯᠡᠭᠦᠶᠢᠴᠡ ᠦᠢᠯᠡᠴᠢᠯᠡᠭᠡ ᠬᠠᠩᠭᠠᠳᠠᠭ ᠣᠶᠤᠨᠴᠢ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠦ ᠲᠠᠪᠴᠠᠩ ᠪᠣᠯᠤᠨ᠎ᠠ᠃ ᠲᠡᠷᠡ ᠨᠢ︽ᠨᠢᠭᠡᠳᠦᠮᠡᠯ ᠲᠠᠪᠴᠠᠩ ᠢᠶᠡᠷ ᠰᠠᠭᠤᠷᠢ ᠪᠣᠯᠭᠠᠵᠦ ᠂ ᠤᠶᠤᠨᠴᠢ ᠰᠣᠷᠭᠠᠨ ᠬᠦᠮᠦᠵᠢᠯ ᠂ ᠤᠶᠤᠨᠴᠢ ᠬᠠᠮᠢᠶᠠᠷᠤᠯᠲᠠ ᠵᠢᠴᠢ ᠪᠠᠭᠰᠢ ᠶᠢᠨ ᠬᠦᠭᠵᠢᠯᠲᠠ ᠪᠡᠷ ᠬᠥᠳᠡᠯᠭᠡᠭᠦᠷ ᠪᠤᠯᠭᠠᠵᠦ ᠂ ᠪᠠᠲᠤᠯᠠᠭ᠎ᠠ ᠲᠠᠢ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠂ ᠡᠶ᠎ᠡ ᠵᠤᠬᠢᠴᠠᠯᠲᠦ ᠭᠡᠷ ᠰᠤᠷᠭᠠᠭᠤᠯᠢ ᠂ ᠳᠠᠪᠠᠭᠤᠯᠢᠭ ᠬᠥᠭᠵᠢᠯᠲᠡ ᠪᠡᠷ ᠬᠥᠲᠦᠯᠦᠮᠵᠢ ᠪᠣᠯᠭᠠᠵᠤ︾᠂  ᠪᠠᠭᠰᠢ ᠂ ᠰᠤᠷᠤᠭᠴᠢ ᠂ ᠰᠤᠷᠭᠠᠭᠤᠯᠢ ᠶᠢᠨ ᠳᠠᠪᠠᠭᠤᠯᠢᠭ ᠦᠨ ᠲᠡᠩᠴᠠᠭᠦᠷᠢᠲᠠᠢ ᠬᠦᠭᠵᠢᠯᠲᠡ ᠶᠢ ᠠᠬᠢᠭᠤᠯᠤᠭᠰᠠᠨ ᠂︽ ᠠᠶᠤᠯᠭᠦᠢ ᠂ ᠲᠣᠭᠲᠠᠪᠤᠷᠢᠲᠠᠢ ᠂ ᠡᠨᠧᠷᠭᠢ ᠠᠷᠪᠢᠯᠠᠭᠰᠠᠨ ᠣᠶᠤᠨᠴᠢ ᠰᠣᠷᠭᠠᠭᠤᠯᠢ ᠶᠢᠨ ᠠᠮᠢ ᠠᠬᠤᠢ ᠶᠢᠨ ᠰᠢᠰᠲ᠋ᠧᠮ︾ ᠢ ᠪᠠᠶᠢᠭᠤᠯᠤᠨ᠎ᠠ ᠃

ᠲᠤᠰ ᠲᠠᠪᠴᠠᠩ ᠢᠶᠡᠷ ᠳᠠᠮᠵᠢᠨ ᠂︽ᠣᠶᠤᠨᠴᠢ ᠬᠠᠮᠢᠶᠠᠷᠤᠯᠲᠠ᠂ ᠣᠶᠤᠨᠴᠢ ᠵᠢᠭᠠᠨ ᠰᠤᠷᠭᠠᠯᠲᠠ ᠂ ᠣᠶᠤᠨᠴᠢ ᠠᠮᠢᠳᠤᠷᠠᠯ︾ ᠦᠨ ᠶᠡᠷᠦᠩᠬᠡᠶᠢᠯᠡᠭᠰᠡᠨ ᠦᠢᠯᠡᠴᠢᠯᠡᠭᠡᠨ ᠦ ᠬᠠᠮᠢᠶᠠᠷᠤᠯᠲᠠ ᠶᠢ ᠪᠠᠶᠢᠭᠤᠯᠵᠤ ᠂ ᠰᠢᠨ᠎ᠡ ᠶᠢ ᠡᠭᠦᠳᠦᠭᠰᠡᠨ ᠴᠦᠭᠡᠨ ᠲᠣᠭᠠᠲᠤ ᠦᠨᠳᠦᠰᠦᠲᠡᠨ ᠦ ᠰᠤᠷᠭᠠᠭᠤᠯᠢ ᠶᠢᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠤᠷᠮᠠᠰᠢᠭᠤᠯᠤᠨ ᠂ ᠬᠥᠮᠦᠨ ᠂ ᠠᠵᠢᠯ ᠂ ᠦᠢᠯᠡᠴᠢᠯᠡᠭᠡ ᠶᠢ ᠬᠣᠯᠪᠤᠭᠰᠠᠨ ᠪᠠᠶᠢᠨ᠎ᠠ᠃

ᠮᠣᠩᠭᠣᠯ ᠬᠢᠲᠠᠳ ᠰᠠᠭᠤᠷᠢ ᠲᠠᠪᠴᠠᠩ

 ︽ ᠶᠡᠷᠦᠩᠬᠡᠶᠢᠯᠡᠭᠰᠡᠨ ᠬᠡᠷᠡᠭᠯᠡᠭᠡᠨ ᠦ ᠬᠠᠮᠢᠶᠠᠷᠤᠯᠲᠠ᠂ ᠨᠢᠭᠡᠳᠦᠮᠡᠯ ᠰᠤᠷᠠᠭ ᠵᠠᠩᠭᠢ ᠶᠢᠨ ᠠᠯᠪᠠᠨ ᠰᠦᠯᠵᠢᠶ᠎ᠡ ᠂  ᠨᠢᠭᠡᠳᠦᠮᠡᠯ ᠪᠡᠶ᠎ᠡ ᠶᠢᠨ ᠬᠡᠷᠡᠴᠢᠯᠡᠯ ᠂ ᠨᠢᠭᠡᠳᠦᠮᠡᠯ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠂ ᠨᠢᠭᠡᠳᠦᠮᠡᠯ ᠳ᠋ᠠᠶᠢᠲ᠋ᠠ ᠲᠦᠪ︾ᠵᠡᠷᠭᠡ ᠠᠭᠤᠯᠭ᠎ᠠ ᠪᠠᠷ ᠨᠠᠷᠢᠨ ᠲᠣᠳᠣᠷᠬᠠᠢ ᠲᠦᠯᠦᠪᠯᠡᠬᠡ ᠦᠷᠨᠢᠭᠦᠯᠵᠦ ᠂ ᠰᠤᠷᠭᠠᠭᠤᠯᠢ ᠶᠢᠨ ᠬᠦᠷᠢᠶᠠᠨ ᠦ ᠦᠨᠳᠦᠷ ᠠᠰᠢᠭᠯᠠᠮᠵᠢᠲᠦ ᠬᠠᠮᠢᠶᠠᠷᠤᠯᠲᠠ ᠂ ᠰᠢᠨᠵᠢᠯᠡᠭᠥ ᠤᠬᠠᠭᠠᠨᠴᠢ ᠰᠢᠢᠳᠪᠦᠷᠢ ᠂ ᠣᠶᠤᠨᠴᠢ ᠦᠢᠯᠡᠴᠢᠯᠡᠭᠡᠨ ᠳᠦ ᠰᠠᠭᠤᠷᠢ ᠲᠠᠯᠪᠢᠵᠤ᠂ ᠰᠤᠷᠭᠠᠭᠤᠯᠢ ᠶᠢᠨ ᠬᠦᠷᠢᠶᠡᠨ ᠦ ᠵᠠᠩᠭᠢᠴᠢᠯᠠᠭᠰᠠᠨ ᠂ ᠤᠶᠤᠨᠴᠢᠯᠠᠭᠰᠠᠨ ᠂ ᠰᠢᠨᠵᠢᠯᠡᠬᠦ ᠤᠬᠠᠭᠠᠨᠴᠢᠯᠠᠭᠰᠠᠨ ᠬᠦᠭᠵᠢᠯᠲᠠ ᠶᠢ ᠬᠠᠩᠭᠠᠪᠠ᠃ 

 

 

ᠤᠶᠤᠨᠴᠢ ᠵᠢᠭᠠᠨ ᠰᠣᠷᠭᠠᠬᠤ

ᠮᠣᠩᠭᠣᠯ ᠬᠢᠲᠠᠳ ᠬᠤᠤᠰ ᠬᠡᠯᠡᠨ ᠦ ᠤᠶᠤᠨᠴᠢ ᠰᠤᠷᠭᠠᠭᠤᠯᠢ ᠶᠢᠨ ᠬᠦᠷᠢᠶᠡᠨ ᠦ ᠲᠠᠪᠴᠠᠩ ᠨᠢ ᠰᠤᠷᠭᠠᠭᠤᠯᠢ ᠶᠢᠨ ᠬᠦᠷᠢᠶᠡᠨ ᠦ ᠡᠳᠦᠷ ᠲᠤᠲᠤᠮ ᠤᠨ ᠵᠢᠭᠠᠨ ᠰᠤᠷᠭᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠮᠡᠳᠡᠯᠭᠡ ᠶᠢᠨ ᠴᠡᠭ ᠪᠤᠯᠤᠨ ᠰᠡᠳᠦᠪ ᠦᠨ ᠬᠥᠮᠥᠷᠭᠡ ᠳᠦ ᠰᠠᠭᠤᠷᠢᠯᠠᠭᠰᠠᠨ ᠤᠶᠤᠨᠴᠢ ᠲᠤᠰᠠᠯᠠᠬᠤ ᠰᠢᠰᠲ᠋ᠧᠮ ᠡᠭᠦᠳᠦᠨ ᠭᠠᠷᠭᠠᠵᠤ ᠂ ᠬᠡᠷᠡᠭᠯᠡᠭᠴᠢ ᠳᠦ ᠨᠡᠩ ᠳᠦᠭᠦᠮ ᠨᠡᠩ ᠪᠦᠷᠢᠨ ᠲᠡᠭᠦᠯᠳᠡᠷ ᠦᠢᠯᠡᠴᠢᠯᠡᠭᠡ ᠶᠢ ᠬᠠᠩᠭᠠᠬᠤ ᠪᠣᠯᠤᠨ᠎ᠠ᠃ ᠲᠤᠮᠤ ᠳ᠋ᠠᠶᠢᠲ᠋ᠠ ᠶᠢᠨ ᠴᠠᠭ ᠦᠶ᠎ᠡ ᠳᠦ ᠂ ᠰᠣᠷᠭᠠᠨ ᠬᠦᠮᠦᠵᠢᠯ ᠦᠨ ᠳ᠋ᠠᠶᠢᠲ᠋ᠠ ᠶᠢᠨ ᠵᠠᠳᠠᠯᠤᠯᠲᠠ ᠨᠢ ᠤᠯᠠᠮ ᠭᠦᠨᠵᠡᠭᠡᠶᠢᠷᠡᠵᠦ ᠂ ᠡᠭᠦᠯᠡᠨᠴᠢᠷ ᠦᠢᠯᠡᠴᠢᠯᠡᠭᠡ ᠳᠦ ᠰᠠᠭᠤᠷᠢᠯᠠᠭᠰᠠᠨ PC ᠵᠢᠴᠢ ᠭᠠᠷ ᠤᠲᠠᠰᠤ ᠶᠢᠨ ᠶᠡᠷᠦᠩᠬᠡᠶᠢᠯᠡᠭᠰᠡᠨ ᠲᠦᠰᠦᠯ ᠢᠶᠡᠷ ᠳᠠᠮᠵᠢᠨ ᠪᠠᠭᠰᠢ ᠰᠤᠷᠤᠭᠴᠢ ᠨᠢᠭᠡ ᠪᠦᠷᠢ ᠳᠦ ᠬᠠᠨᠳᠤᠯᠭᠠᠲᠤ ᠴᠢᠨᠠᠷᠲᠠᠢ ᠪᠠ ᠦᠪᠡᠷᠮᠢᠴᠡ ᠴᠢᠨᠠᠷᠲᠠᠢ ᠦᠢᠯᠡᠴᠢᠯᠡᠭᠡ ᠬᠠᠩᠭᠠᠵᠦ ᠂ ᠬᠦᠮᠦᠨ ᠪᠣᠯᠭᠠᠨ ᠴᠠᠭ ᠢᠮᠠᠭᠲᠠ ᠰᠤᠷᠤᠯᠴᠠᠵᠦ᠂ ᠬᠢᠷᠢ ᠪᠦᠲᠦᠮᠵᠢ ᠪᠡᠨ ᠳᠡᠭᠡᠭᠰᠢᠯᠡᠭᠦᠯᠬᠦ ᠶᠢ ᠪᠡᠶᠡᠯᠡᠭᠦᠯᠪᠡ᠃ 

ᠤᠶᠤᠨᠴᠢ ᠵᠢᠭᠠᠨ ᠰᠣᠷᠭᠠᠬᠤ ᠨᠢ ᠬᠣᠪᠢ ᠬᠦᠮᠦᠨ ᠦ ᠬᠢᠴᠢᠶᠡᠯ ᠪᠡᠯᠡᠳᠬᠡᠬᠦ ᠂ ᠬᠠᠮᠲᠤ ᠶᠢᠨ ᠬᠢᠴᠢᠶᠠᠯ ᠪᠡᠯᠡᠳᠬᠡᠬᠦ ᠂ ᠰᠡᠳᠦᠪ ᠦᠨ ᠬᠥᠮᠥᠷᠭᠡ ᠶᠢᠨ ᠰᠢᠰᠲ᠋ᠧᠮ ᠂ ᠬᠢᠴᠢᠶᠡᠯ ᠰᠣᠩᠭᠣᠬᠤ ᠂ ᠰᠢᠯᠭᠠᠯᠲᠠ ᠶᠢᠨ ᠬᠠᠮᠢᠶᠠᠷᠤᠯᠲᠠ ᠂ ᠬᠢᠷᠢ ᠪᠦᠲᠦᠮᠵᠢ ᠶᠢᠨ ᠵᠠᠳᠠᠯᠤᠯᠲᠠ ᠂ ᠡᠭᠦᠯᠡᠨᠴᠢᠷ ᠬᠢᠴᠢᠶᠡᠯ ᠂ ᠰᠤᠷᠪᠤᠯᠵᠢ ᠶᠢᠨ ᠰᠠᠩ ᠂ ᠲᠤᠮᠢᠶᠠᠨ ᠦ ᠰᠠᠩ ᠂ ᠪᠣᠷᠣ ᠮᠠᠲ᠋ᠧᠷᠢᠶᠠᠯ ᠦᠨ ᠰᠠᠩ ᠂ ᠬᠢᠴᠢᠶᠡᠯ ᠰᠣᠨᠣᠰᠬᠤ ᠂ ᠬᠢᠴᠢᠶᠡᠯ ᠦᠨᠡᠯᠡᠬᠦ ᠵᠡᠷᠭᠡ ᠴᠢᠳᠠᠮᠵᠢ ᠪᠤᠢ᠃

ᠣᠶᠤᠨᠴᠢ ᠬᠠᠮᠢᠶᠠᠷᠤᠯᠲᠠ

ᠣᠶᠤᠨᠴᠢ ᠬᠠᠮᠢᠶᠠᠷᠤᠯᠲᠠ ᠨᠢ ᠰᠤᠷᠭᠠᠭᠤᠯᠢ ᠶᠢᠨ ᠡᠯ᠎ᠡ ᠡᠷᠬᠡ ᠳᠤᠰᠢᠶᠠᠯᠲᠦ ᠭᠡᠯᠲᠡᠰ ᠂ ᠬᠠᠮᠢᠶᠠᠷᠤᠯᠲᠠ ᠶᠢᠨ ᠲᠠᠪᠬᠤᠷᠭ᠎ᠠ ᠂ ᠰᠤᠷᠭᠠᠭᠤᠯᠢ ᠶᠢᠨ ᠬᠦᠷᠢᠶᠠᠨ ᠦ ᠠᠮᠤᠷ ᠲᠦᠪᠰᠢᠨ ᠦ ᠠᠵᠢᠯ ᠂ ᠰᠤᠷᠭᠠᠭᠤᠯᠢ ᠶᠢᠨ ᠠᠵᠢᠯ ᠰᠣᠷᠤᠯᠭ᠎ᠠ ᠶᠢᠨ ᠲᠣᠬᠢᠷᠠᠭᠤᠯᠤᠯᠲᠠ ᠵᠠᠷᠭᠡ ᠴᠢᠳᠠᠮᠵᠢ ᠲᠠᠢ ᠂ ᠰᠤᠷᠭᠠᠭᠤᠯᠢ ᠶᠢᠨ ᠡᠳ᠋ ᠦᠨ ᠶᠠᠪᠤᠳᠠᠯ ᠦᠨ ᠰᠢᠰᠲ᠋ᠧᠮ ᠲᠠᠢ ᠬᠣᠯᠪᠣᠭᠳᠠᠵᠤ ᠂ ᠬᠣᠭᠣᠯᠠᠨ ᠬᠡᠷ ᠦᠨ ᠬᠠᠮᠢᠶᠠᠷᠤᠯᠲᠠ ᠪᠠ ᠡᠳᠦᠷ ᠳᠣᠲᠣᠮ ᠦᠨ ᠬᠠᠮᠢᠶᠠᠷᠤᠯᠲᠠ ᠲᠠᠢ ᠨᠡᠶᠢᠯᠡᠯᠴᠡᠵᠤ ᠂ ᠠᠶᠤᠯᠭᠦᠢ ᠂ ᠦᠨᠳᠦᠷ ᠠᠰᠢᠭᠯᠠᠮᠵᠢᠲᠠᠢ ᠪᠦᠷᠢᠨ ᠴᠤᠭᠴᠠᠴᠢᠯᠠᠭᠰᠠᠨ ᠰᠦᠯᠵᠢᠶᠠᠨ ᠲᠠᠪᠴᠠᠩ ᠢ ᠪᠦᠷᠢᠯᠳᠦᠭᠦᠯᠦᠨ  ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠠᠯᠪᠠᠨ ᠪᠢᠴᠢᠭ ᠢ ᠺᠤᠮᠫᠢᠦ᠋ᠲ᠋ᠸ᠌ᠷᠴᠢᠯᠡᠬᠦ ᠂ ᠪᠢᠴᠢᠭ ᠮᠠᠲ᠋ᠧᠷᠢᠶᠠᠯ ᠦᠨ ᠴᠠᠬᠢᠮᠵᠢᠭᠤᠯᠬᠤ ᠂ ᠠᠵᠢᠯ ᠤᠨ ᠬᠠᠮᠵᠢᠯᠴᠠᠭ᠎ᠠ ᠶᠢ ᠨᠢᠭᠲᠠᠷᠠᠭᠤᠯᠬᠤ ᠶᠢ ᠪᠠᠶᠡᠯᠡᠭᠦᠯᠦᠨ ᠂ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ ᠂ ᠳᠣᠲᠣᠭᠠᠳᠤ ᠶᠢᠨ ᠰᠤᠷᠠᠭ ᠵᠠᠩᠭᠢ ᠶᠢᠨ ᠰᠣᠯᠢᠯᠴᠠᠭ᠎ᠠ ᠶᠢ ᠠᠬᠢᠭᠤᠯᠤᠨ᠎ᠠ᠃ 

ᠣᠶᠤᠨᠴᠢ ᠬᠠᠮᠢᠶᠠᠷᠤᠯᠲᠠ ᠳᠦ ᠠᠵᠢᠯ ᠪᠠᠶᠢᠳᠠᠯ ᠤᠨ ᠬᠠᠮᠢᠶᠠᠷᠤᠯᠲᠠ ᠂ ᠴᠢᠯᠦᠭᠡ ᠭᠤᠶᠤᠴᠢᠯᠠᠯ ᠤᠨ ᠬᠠᠮᠢᠶᠠᠷᠤᠯᠲᠠ ᠂ᠵᠢᠵᠢᠭᠦᠷ ᠡᠭᠡᠯᠵᠢ ᠶᠢᠨ ᠬᠠᠮᠢᠶᠠᠷᠤᠯᠲᠠ ᠂ ᠶᠣᠰᠣ ᠰᠤᠷᠲᠠᠬᠤᠨ ᠤ ᠬᠦᠮᠦᠵᠢᠯ ᠦᠨ ᠬᠠᠮᠢᠶᠠᠷᠤᠯᠲᠠ ᠂ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠂ ᠠᠮᠤᠷ ᠲᠦᠪᠰᠢᠨ ᠦ ᠬᠠᠮᠢᠶᠠᠷᠤᠯᠲᠠ ᠂ ᠪᠠᠶᠢᠷᠢ ᠶᠢᠨ ᠬᠠᠮᠢᠶᠠᠷᠤᠯᠲᠠ ᠂ ᠪᠦᠯᠬᠦᠮ ᠦᠨ  ᠪᠠᠶᠢᠭᠤᠯᠤᠯᠲᠠ ᠶᠢᠨ ᠬᠠᠮᠢᠶᠠᠷᠤᠯᠲᠠ ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠂ ᠵᠢᠭᠠᠨ ᠰᠤᠷᠭᠠᠯᠲᠠ ᠶᠢᠨ ᠠᠵᠢᠯᠲᠠᠨ ᠤ ᠳᠠᠩᠰᠠ ᠡᠪᠬᠡᠮᠡᠯ ᠦᠨ ᠬᠠᠮᠢᠶᠠᠷᠤᠯᠲᠠ ᠂ ᠰᠤᠷᠤᠭᠴᠢ ᠶᠢᠨ ᠶᠡᠷᠦᠩᠬᠡᠢ ᠦᠨᠡᠯᠡᠯᠲᠡ ᠂ ᠤᠷᠤᠯᠳᠤᠭᠠᠨ ᠦ ᠬᠠᠮᠢᠶᠠᠷᠤᠯᠲᠠ ᠂ ᠰᠤᠷᠭᠠᠭᠤᠯᠢ ᠶᠢᠨ ᠠᠵᠢᠯ ᠤᠨ ᠶᠡᠷᠦᠩᠬᠡᠢ ᠬᠠᠮᠢᠶᠠᠷᠤᠯᠲᠠ ᠵᠡᠷᠭᠡ ᠴᠢᠳᠠᠮᠵᠢ ᠲᠠᠢ᠃ 

ᠤᠶᠤᠨᠴᠢ ᠭᠡᠷ ᠰᠤᠷᠭᠠᠭᠤᠯᠢ

ᠤᠶᠤᠨᠴᠢ ᠭᠡᠷ ᠰᠤᠷᠭᠠᠭᠤᠯᠢ ᠪᠤᠯ ᠭᠡᠷ ᠤᠨ ᠠᠬᠠᠮᠠᠳ ᠂ ᠪᠠᠭᠰᠢ ᠂ ᠬᠠᠮᠢᠶᠠᠷᠤᠭᠴᠢ ᠵᠢᠨ ᠪᠥᠬᠦ ᠲᠠᠯ᠎ᠠ ᠵᠢᠨ ᠬᠠᠷᠢᠯᠴᠠᠭᠠᠨ ᠦ  ᠳᠠᠪᠴᠠᠩ ᠪᠤᠯᠤᠨ᠎ᠠ᠃ ᠮᠡᠳᠡᠭᠳᠡᠯ ᠂ ᠰᠢᠯᠭᠠᠯᠲᠠ ᠵᠢᠨ ᠬᠢᠷᠢ ᠪᠦᠲᠦᠮᠵᠢ ᠂ ᠴᠠᠭ ᠳᠤᠤᠷ᠎ᠠ ᠨᠢ ᠴᠢᠮᠡᠭᠡ ᠨᠡᠪᠲᠡᠷᠡᠯᠴᠡᠬᠦ ᠵᠡᠷᠭᠡ ᠦᠨᠳᠦᠰᠦᠨ ᠴᠢᠳᠠᠮᠵᠢ ᠡᠴᠡ ᠭᠠᠳᠠᠨ᠎ᠠ ᠪᠠᠰᠠ ᠂ ᠰᠢᠨ᠎ᠡ ᠰᠤᠷᠤᠭᠴᠢᠳ ᠨᠡᠷ᠎ᠡ ᠮᠡᠳᠡᠭᠦᠯᠬᠦ ᠂ ᠰᠢᠯᠵᠢᠮᠡᠯ ᠠᠯᠪᠠᠯᠠᠭ᠎ᠠ ᠂ ᠡᠳᠦᠷ ᠳᠣᠲᠤᠮ ᠤᠨ ᠠᠵᠢᠯ ᠦᠨ ᠢᠷᠡᠴᠡ ᠪᠦᠷᠢᠳᠬᠡᠯ ᠂ ᠵᠣᠴᠢᠨ ᠤ ᠬᠠᠮᠢᠶᠠᠷᠤᠯᠲᠠ ᠵᠡᠷᠭᠡ ᠤᠨᠴᠠᠭᠠᠢ ᠴᠢᠳᠠᠮᠵᠢ ᠲᠠᠢ ᠃ 

ᠤᠶᠤᠨᠴᠢ ᠮᠤᠩᠭᠤᠯ ᠬᠢᠳᠠᠳ ᠬᠤᠤᠰ ᠬᠡᠯᠡᠨ ᠦ ᠰᠢᠯᠭᠠᠯᠲᠠ ᠶᠢᠨ ᠰᠢᠰᠲ᠋ᠧᠮ

ᠤᠶᠤᠨᠴᠢ ᠮᠤᠩᠭᠤᠯ ᠬᠢᠳᠠᠳ ᠬᠤᠤᠰ ᠬᠡᠯᠡᠨ ᠦ ᠰᠢᠯᠭᠠᠯᠲᠠ ᠭᠠᠷᠭᠠᠬᠤ ᠴᠢᠳᠠᠮᠵᠢ ᠶᠢ ᠬᠠᠩᠭᠠᠵᠤ ᠂ ᠰᠢᠯᠭᠠᠯᠲᠠ ᠭᠠᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ ᠂ ᠰᠡᠳᠦᠪ ᠦᠨ ᠮᠡᠳᠡᠯᠭᠡ ᠶᠢᠨ ᠴᠡᠭ ᠂ ᠬᠦᠴᠢᠷᠴᠠ ᠂ ᠵᠢᠭᠠᠨ ᠰᠤᠷᠭᠠᠯᠳᠠ ᠶᠢᠨ ᠱᠠᠭᠠᠷᠳᠠᠯᠭ᠎ᠠ ᠂ ᠬᠤᠪᠢ ᠵᠡᠷᠭᠡ ᠠᠭᠤᠯᠭ᠎ᠠ ᠶᠢ ᠥᠪᠡᠷᠲᠡᠭᠡᠨ ᠲᠤᠭᠲᠠᠭᠠᠵᠦ ᠪᠤᠯᠬᠤ ᠪᠦᠭᠡᠳ ᠮᠦᠨ ᠰᠡᠳᠦᠪ ᠦᠨ ᠰᠠᠩ ᠪᠠ ᠰᠢᠯᠭᠠᠯᠲᠠ ᠶᠢᠨ ᠰᠡᠳᠦᠪ ᠦᠨ ᠬᠡᠯᠪᠡᠷᠢ ᠶᠢ ᠲᠤᠭᠳᠠᠭᠠᠵᠦ ᠪᠣᠯᠤᠨ᠎ᠠ ᠃ᠰᠢᠯᠭᠠᠯᠲᠠ ᠦᠵᠡᠬᠦ ᠰᠢᠰᠲ᠋ᠧᠮ ᠨᠢ ᠰᠤᠷᠭᠠᠭᠤᠯᠢ ᠶᠢᠨ ᠡᠳᠦᠷ ᠲᠤᠳᠤᠮ ᠤᠨ ᠮᠣᠩᠭᠣᠯ ᠬᠢᠲᠠᠳ ᠬᠣᠤᠰ ᠬᠡᠯᠡᠨ ᠦ ᠲᠠᠰᠬᠠᠯ ᠪᠠ ᠰᠢᠯᠭᠠᠯᠲᠠ ᠶᠢᠨ ᠲᠣᠭ᠎ᠠ ᠪᠠᠷᠢᠮᠲᠠ ᠶᠢ ᠢᠯᠭᠠᠨ ᠲᠠᠨᠢᠬᠤ ᠂ ᠴᠤᠭᠯᠠᠭᠤᠯᠬᠤ ᠂ ᠵᠠᠳᠠᠯᠬᠤ ᠴᠢᠳᠠᠮᠵᠢ ᠲᠠᠢ᠃

ᠤᠶᠤᠨᠴᠢ ᠡᠭᠦᠳᠡᠨ ᠬᠠᠮᠢᠶᠠᠷᠤᠯᠲᠠ

 ᠰᠤᠷᠭᠠᠭᠤᠯᠢ ᠵᠢᠨ ᠰᠤᠷᠤᠭᠴᠢᠳ《ᠰᠤᠷᠭᠠᠭᠤᠯᠢ ᠵᠢᠨ ᠺᠠᠷᠲ 》 ᠢᠶᠡᠨ ᠬᠡᠷᠡᠭᠯᠡᠵᠦ  ᠳᠠᠶᠢᠲ᠋ᠠ ᠲᠥᠪ ᠦᠢᠯᠡᠴᠢᠯᠡᠭᠦᠷ ᠲᠤ ᠣᠷᠤᠵᠤ ᠭᠠᠷᠤᠨ᠎ᠠ᠃《ᠡᠭᠦᠳᠡᠨ ᠬᠠᠮᠢᠶᠠᠷᠤᠯᠲᠠ 》ᠪᠠ 《ᠸᠢᠳᠢᠤ᠋ ᠬᠢᠨᠠᠯᠲᠠ 》ᠨᠢ ᠰᠤᠷᠭᠠᠭᠤᠯᠢ ᠵᠢᠨ ᠳᠠᠶᠢᠲ᠋ᠠ ᠲᠥᠪ ᠦᠢᠯᠡᠴᠢᠯᠡᠭᠦᠷ ᠵᠢᠡᠷ ᠳᠠᠮᠵᠢᠨ ᠂ ᠴᠠᠭ ᠢᠮᠠᠭᠲᠠ ᠳᠦᠷᠰᠦ ᠰᠢᠩᠭᠡᠭᠡᠬᠦ ᠪᠠ ᠺᠠᠷᠲ ᠤᠩᠰᠢᠵᠤ ᠰᠤᠷᠠᠭ ᠵᠠᠩᠬᠢ ᠪᠡᠨ ᠬᠤᠯᠪᠤᠬᠤ ᠵᠢ ᠪᠡᠶᠡᠯᠡᠭᠦᠯᠵᠦ ᠂ ᠠᠮᠤᠷ ᠲᠠᠶᠢᠪᠤᠩ ᠰᠤᠷᠭᠠᠭᠤᠯᠢ ᠵᠢᠨ ᠬᠦᠷᠢᠶ᠎ᠡ ᠵᠢ ᠴᠤᠭᠴᠠᠯᠠᠬᠤ ᠵᠢ ᠪᠥᠬᠦ ᠲᠠᠯ᠎ᠠ ᠪᠡᠷ ᠳᠡᠮᠵᠢᠨ᠎ᠡ᠃ 

ᠤᠬᠠᠭᠠᠯᠢᠭ ᠳᠡᠯᠭᠡᠴᠡ

ᠤᠬᠠᠭᠠᠯᠢᠭ ᠳᠡᠯᠭᠡᠴᠡ ᠪᠤᠯ ᠤᠶᠤᠨᠴᠢ ᠰᠤᠷᠭᠠᠭᠤᠯᠢ ᠶᠢᠨ ᠬᠦᠷᠢᠶᠡᠨ ᠦ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠬᠠᠮᠤᠭ ᠰᠢᠭᠤᠳ ᠳᠡᠯᠭᠡᠨ ᠦᠵᠡᠭᠦᠯᠬᠦ ᠴᠤᠩᠬᠤ ᠪᠠᠶᠢᠵᠦ ᠂ ᠠᠩᠭᠢ ᠶᠢᠨ ᠰᠤᠷᠠᠭ ᠵᠠᠩᠭᠢ ᠂ ᠬᠢᠴᠢᠶᠡᠯ  ᠦᠨ ᠰᠤᠷᠠᠭ ᠵᠠᠩᠭᠢ ᠂ ᠠᠩᠭᠢ ᠶᠢᠨ ᠬᠥᠳᠡᠯᠭᠡᠭᠡᠨ ᠦ ᠰᠤᠷᠠᠭ ᠵᠠᠩᠭᠢ ᠵᠢᠴᠢ ᠰᠤᠷᠭᠠᠭᠤᠯᠢ ᠶᠢᠨ ᠮᠡᠳᠡᠭᠳᠡᠯ ᠵᠡᠷᠭᠡ ᠶᠢ   ᠦᠵᠡᠭᠦᠯᠬᠦ ᠴᠢᠳᠠᠮᠵᠢ ᠲᠠᠢ ᠃ ᠮᠡᠳᠡᠭᠡ ᠵᠠᠩᠭᠢᠵᠢᠯᠠᠯᠳᠠ ᠶᠢᠨ ᠰᠢᠨ᠎ᠡ ᠡᠷᠡᠨ ᠴᠠᠭ ᠲᠤ ᠂ ᠬᠠᠮᠤᠭ ᠰᠢᠨ᠎ᠡ ᠵᠢᠭᠠᠨ ᠰᠤᠷᠭᠠᠯᠳᠠ ᠶᠢᠨ ᠣᠶᠢᠯᠠᠭᠠᠭᠳᠠᠬᠤᠨ ᠲᠠᠢ ᠤᠶᠠᠯᠳᠤᠭᠤᠯᠤᠨ ᠂ ᠨᠢᠭᠡᠨ ᠲᠣᠭᠠᠴᠢᠯᠠᠯᠳᠠ ᠶᠢᠨ ᠤᠷᠤᠨ ᠵᠠᠢ  ᠶᠢ ᠪᠠᠶᠢᠭᠤᠯᠵᠦ ᠂ ᠰᠤᠷᠭᠠᠭᠤᠯᠢ ᠶᠢᠨ ᠬᠦᠷᠢᠶᠡᠨ ᠦ ᠴᠠᠭ ᠪᠠ ᠣᠷᠣᠨ ᠵᠠᠶ ᠶᠢᠨ ᠬᠡᠮᠵᠢᠯ ᠢ ᠥᠷᠭᠡᠳᠬᠡᠬᠦ ᠪᠡᠷ ᠳᠠᠮᠵᠢᠨ ᠂ ᠰᠤᠷᠭᠠᠭᠤᠯᠢ ᠶᠢᠨ ᠬᠦᠷᠢᠶᠡᠨ ᠦ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠦᠨ ᠂ ᠵᠢᠭᠠᠨ ᠰᠤᠷᠭᠠᠯᠳᠠ ᠶᠢᠨ ᠶᠠᠪᠤᠴᠠ ᠶᠢ ᠪᠦᠬᠦ ᠲᠠᠯ᠎ᠠ ᠪᠠᠷ ᠮᠡᠳᠡᠭᠡ ᠵᠠᠩᠭᠢᠴᠢᠭᠤᠯᠤᠨ ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠪᠦᠳᠦᠮᠵᠢ  ᠶᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠦᠨ᠎ᠡ᠃  

ᠤᠶᠤᠨᠴᠢ ᠪᠤᠳᠠᠰ ᠤᠨ ᠬᠤᠯᠪᠤᠭ᠎ᠠ

 ᠪᠤᠳᠠᠰ ᠤᠨ ᠬᠤᠯᠪᠤᠭ᠎ᠠ ᠨᠢ ᠰᠤᠷᠭᠠᠭᠤᠯᠢ ᠵᠢᠨ ᠬᠦᠷᠢᠶᠡᠨ ᠤ ᠡᠬᠢ ᠪᠠᠶᠠᠯᠢᠭ ᠤᠨ ᠪᠦᠲᠦᠮᠵᠢᠲᠠᠢ ᠬᠤᠪᠢᠶᠠᠷᠢᠯᠠᠯᠲᠠ ᠪᠠ ᠠᠰᠢᠭᠯᠠᠯᠲᠠ ᠵᠢ ᠪᠡᠶᠡᠯᠡᠭᠦᠯᠦᠨ᠎ᠡ ᠂ ᠵᠢᠱᠢᠶᠡᠯᠡᠪᠡᠯ ᠡᠭᠢ ᠰᠤᠷᠪᠤᠯᠵᠢ  ᠶᠢᠨ ᠨᠢᠭᠡᠳᠦᠭᠦᠯᠬᠦ ᠪᠠ ᠬᠤᠪᠢᠶᠠᠯᠴᠠᠬᠤ ᠂ ᠬᠥᠮᠦᠨ ᠳᠦᠷᠬᠦᠰ ᠢᠯᠭᠠᠨ ᠲᠠᠨᠢᠬᠤ ᠂ ᠨᠤᠮ ᠪᠢᠴᠢᠭ ᠤᠨ ᠬᠠᠮᠢᠶᠠᠷᠤᠯᠲᠠ ᠂ ᠰᠤᠷᠭᠠᠭᠤᠯᠢ ᠵᠢᠨ ᠺᠠᠷᠲ ᠂ ᠰᠤᠷᠭᠠᠭᠤᠯᠢ ᠵᠢᠨ ᠳᠤᠲᠤᠭᠠᠳᠤ ᠵᠢᠨ ᠡᠯ᠎ᠡ ᠵᠦᠢᠯ ᠤᠨ ᠰᠤᠷᠠᠭ ᠵᠠᠩᠬᠢ ᠵᠢᠨ ᠰᠢᠰᠲ᠋ᠧᠮ  ᠦᠨ ᠡᠮᠬᠢᠯᠡᠬᠦ ᠵᠡᠷᠭᠡ ᠂ ᠡᠭᠦᠨ ᠵᠢᠡᠷ ᠰᠤᠷᠭᠠᠭᠤᠯᠢ ᠵᠢᠨ ᠬᠦᠷᠢᠶᠡᠨ ᠤ《ᠤᠶᠤᠨᠴᠢᠯᠠᠭᠰᠠᠨ》ᠦᠢᠯᠡᠴᠢᠯᠡᠭᠡ ᠪᠠ ᠬᠠᠮᠢᠶᠠᠷᠤᠯᠲᠠ ᠵᠢ ᠪᠡᠶᠡᠯᠡᠭᠦᠯᠦᠨ᠎ᠡ ᠃

ᠰᠢᠢᠳᠪᠦᠷᠢᠲᠦ ᠵᠠᠳᠠᠯᠤᠯᠲᠠ

ᠨᠢᠭᠡᠳᠦᠯᠲᠡᠢ ᠳ᠋ᠠᠶᠢᠲ᠋ᠠ ᠬᠥᠮᠥᠷᠭᠡ ᠶᠢᠨ ᠳᠠᠪᠴᠠᠩ ᠦᠨ ᠰᠠᠭᠤᠷᠢᠨ ᠳᠡᠭᠡᠷ᠎ᠡ ᠂ ᠦᠰᠦᠭ ᠵᠢᠷᠤᠭ ᠢᠯᠡᠳᠬᠡᠯ ᠦᠨ ᠬᠡᠯᠪᠡᠷᠢ ᠪᠡᠷ ᠣᠯᠠᠨ ᠬᠠᠷᠠᠭᠠᠰᠤ ᠡᠴᠡ ᠰᠤᠷᠭᠠᠭᠤᠯᠢ ᠶᠢᠨ ᠶᠡᠷᠦᠩᠬᠡᠶᠢᠯᠡᠭᠰᠡᠨ ᠰᠤᠷᠠᠭ ᠵᠠᠩᠭᠢ ᠶᠢ ᠨᠡᠩ ᠭᠦᠨᠵᠡᠭᠡᠢ ᠬᠠᠷᠠᠭᠤᠯᠵᠤ ᠂ ᠠᠰᠢᠭᠯᠠᠮᠵᠢ ᠥᠨᠳᠥᠷ ᠂ ᠣᠨᠣᠪᠴᠢᠲᠠᠢ ᠂ ᠨᠡᠭᠡᠭᠡᠯᠲᠡᠲᠡᠢ ᠂ ᠳᠥᠭᠥᠮ ᠳᠥᠲᠡ ᠶᠡᠷᠦᠩᠬᠡᠶᠢᠯᠡᠭᠰᠡᠨ ᠰᠤᠷᠭᠠᠭᠤᠯᠢ ᠶᠢᠨ ᠪᠠᠶᠢᠳᠠᠯ ᠤᠨ ᠳᠠᠪᠴᠠᠩ ᠢ ᠬᠠᠩᠭᠠᠬᠤ ᠶᠢᠨ ᠬᠠᠮᠲᠤ ᠰᠤᠷᠭᠠᠭᠤᠯᠢ ᠶᠢᠨ ᠡᠯ᠎ᠡ ᠤᠳᠤᠷᠢᠳᠤᠯᠭ᠎ᠠ ᠳᠤ ᠰᠢᠢᠳᠪᠦᠷᠢ ᠭᠠᠷᠭᠠᠬᠤ ᠳᠦ ᠲᠤᠰᠠᠯᠠᠮᠵᠢ ᠬᠠᠩᠭᠠᠨ᠎ᠠ᠃

ᠤᠷᠬᠤᠨ ᠤᠶᠤᠨᠴᠢ ᠰᠤᠷᠭᠠᠭᠤᠯᠢ ᠵᠢᠨ ᠬᠦᠷᠢᠶᠡᠨ  ᠤ ᠰᠢᠰᠲ᠋ᠧᠮ  ᠤᠨ ᠬᠢᠷᠢ ᠬᠡᠮ  ᠤᠨ ᠭᠡᠷᠡᠴᠢ

ᠬᠠᠷᠢᠯᠴᠠᠬᠤ ᠬᠦᠰᠦᠨᠦᠭ

ᠬᠠᠷᠢᠯᠴᠠᠬᠤ ᠵᠠᠩᠭᠢ

400-805-2232
0471-5617213
info@orhonit.com
ᠬᠦᠬᠡᠬᠤᠳᠠ ᠶᠢᠨ ᠰᠠᠶᠢᠬᠠᠨ ᠲᠤᠭᠤᠷᠢᠭ ᠤᠨ ᠪᠤᠭᠤᠳᠦ ᠵᠡᠭᠦᠨ ᠵᠡᠭᠡᠯᠢ ᠶᠢᠨ ᠢ ᠾᠸ ᠠᠰᠠᠷ ᠤᠨ 6 ᠳ᠋ᠤᠭᠠᠷ ᠲᠠᠪᠬᠤᠷ